3 сарын 26 , Пүрэв гараг
|

᠒᠐᠑᠙-᠒᠐᠒᠐ ᠣᠨ

2025-05-27 — ᠲᠡᠦᢈᠡᠨ ᠲᠣᠪᠴᠢᠶ᠎ᠠ
ᠲᠥᠷᠦ ᠶ᠋ᠢᠨ ᠠᠦᠳᠢᠲ ᠤ᠋ᠨ ᠬᠠᠷᠠᠭᠠᠲᠤ ᠪᠤᠰᠤ ᠪᠠᠶᠢᠳᠠᠯ ᠢ᠋ ᠪᠠᠲᠤᠯᠠᠭᠠᠵᠢᠭᠤᠯᠤᠭᠰᠠᠨ ᠤᠯᠤᠰ ᠤ᠋ᠨ ᠶᠡᢈᠡ ᠬᠤᠷᠠᠯ ᠳᠣᠷᠵᠢᠰᠦ᠋ᠷᠦᠩ ᠦ᠋ᠨ ᠽᠠᠨᠳᠠᠨᠪᠠᠲᠤ ᠶ᠋ᠢ ᠤᠯᠤᠰ ᠤ᠋ᠨ ᠶᠡᢈᠡ ᠬᠤᠷᠠᠯ ᠤ᠋ᠨ ᠒᠐᠑᠙ ᠣᠨ ᠤ᠋ ᠕ ᠳ᠋ᠤᠭᠠᠷ ᠰᠠᠷ᠎ᠠ ᠶ᠋ᠢᠨ ᠐᠙-ᠨᠢᠢ ᠡᠳᠦᠷ ᠦ᠋ᠨ ᠔᠖ ᠳ᠋᠋ᠤᠭᠠᠷ ᠲᠣᠭᠲᠠᠭᠠᠯ ᠢ᠋ᠶᠠᠷ ᠮᠣᠩᠭᠣᠯ ᠤᠯᠤᠰ ᠤ᠋ᠨ ᠶᠡᠷᠦᠩᢈᠡᠢ ᠠᠦ᠋ᠳᠢᠲ᠋ᠤᠷ ᠢ᠋ᠶᠠᠷ ᠲᠣ

ᠲᠥᠷᠦ ᠶ᠋ᠢᠨ ᠠᠦ᠋ᠳᠢᠲ ᠤ᠋ᠨ ᠡᠷᢈᠡ ᠵᠦᠢ ᠶ᠋ᠢᠨ ᠣᠷᠴᠢᠨ ᠤ᠋ ᠳᠡᢉᠡᠷᠡᢈᠢ ᠰᠢᠨᠡᠴᠢᠯᠡᠯ ᠨᠢ ᠲᠤᠰ ᠪᠠᠶᠢᠭᠤᠯᠤᠯᠭ᠎ᠠ ᠶ᠋ᠢᠨ ᠦᠢᠯᠡ ᠠᠵᠢᠯᠯᠠᠭᠠᠨ ᠤ᠋ ᠴᠢᢉᠯᠡᠯ᠂ ᠬᠠᠷᠠᠭᠠᠲᠤ ᠪᠤᠰᠤ ᠪᠠᠶᠢᠳᠠᠯ ᠢ᠋ ᠣᠯᠠᠨ ᠤᠯᠤᠰ ᠤ᠋ᠨ ᠴᠢᢉ ᠬᠠᠨᠳᠤᠯᠭ᠎ᠠ᠂ ᠵᠠᠷᠴᠢᠮ᠂ ᠰᠲ᠋ᠠᠨᠳᠠᠷᠲ ᠲᠤ ᠨᠡᠶᠢᠴᠡᢉᠦᠯᠦᠨ ᠪᠠᠲᠤᠳᠬᠠᠭᠰᠠᠨ ᠠ᠋ᠴᠠ ᠭᠠᠳᠠᠨ᠎ᠠ ᠲᠥᠷᠦ ᠶ᠋ᠢᠨ ᠰᠠᠩᢈᠦᠦ᠂ ᠲᠥᠰᠦᠪ ᠦ᠋ᠨ ᢈᠢᠨᠠᠯᠲᠠ ᢉᠡᠰᠡᠨ ᠣᠶᠢᠯᠠᠭᠠᠯᠲᠠ ᠶ᠋ᠢ ᠥᠷᢉᠡᠨ ᠠᠭᠤᠯᠭ᠎ᠠ ᠪᠠᠷ ᠪᠤᠶᠤ ᠲᠥᠷᠦ ᠶ᠋ᠢᠨ ᠰᠠᠩᢈᠦᠦ᠂ ᠲᠥᠰᠦᠪ᠂ ᢈᠥᠲᠦᠯᠪᠦᠷᠢ᠂ ᠲᠥᠰᠦᠯ᠂ ᠠᠷᠭ᠎ᠠ ᢈᠡᠮᠵᠢᠶ᠎ᠡ᠂ ᠡᠷᢉᠢᠨ ᠲᠥᠯᠦᢉᠳᠡᢈᠦ ᠨᠥᢈᠦᠴᠡᠯ ᠢ᠋ᠶᠡᠷ ᠠᠰᠢᠭᠯᠠᠭᠤᠯᠬᠤ ᠦᠢᠯᠡ ᠠᠵᠢᠯᠯᠠᠭ᠎ᠠ᠂ ᠬᠤᠪᠢᠴᠢᠯᠠᠯ᠂ ᠳᠠᠭᠤᠳᠠᠯᠭ᠎ᠠ ᠬᠤᠳᠠᠯᠳᠤᠭ᠎ᠠ᠂ ᠲᠧᠻᠨᠢᢉ᠂ ᠡᠳ᠋ ᠦ᠋ᠨ ᠵᠠᠰᠠᠭ ᠤ᠋ᠨ ᠦᠨᠳᠦᠰᠦᠯᠡᠯ᠂ ᢈᠥᠷᠦᠩᢉᠡ ᠣᠷᠤᠭᠤᠯᠤᠯᠲᠠ᠂ ᠬᠤᠳᠠᠯᠳᠤᠨ ᠠᠪᠬᠤ ᠠᠵᠢᠯᠯᠠᠭ᠎ᠠ᠂ ᠵᠢᢉᠡᠯᠡᠯᢉᠡ᠂ ᠭᠠᠳᠠᠭᠠᠳᠤ ᠵᠢᢉᠡᠯᠡ᠂ ᠲᠤᠰᠠᠯᠠᠮᠵᠢ᠂ ᠬᠠᠨᠳᠢᠪ᠂ ᠰᠠᠩᢈᠦᠦ ᠶ᠋ᠢᠨ ᠳᠡᠮᠵᠢᠯᢉᠡ᠂ ᠥᠷᠢ ᠶ᠋ᠢᠨ ᠪᠠᠲᠤᠯᠠᠭ᠎ᠠ᠂ ᠦᠨᠡᠲᠦ ᠴᠠᠭᠠᠰᠤ᠂ ᠪᠦᢈᠦ ᠲᠥᠷᠦᠯ ᠦ᠋ᠨ ᢉᠡᠷ᠎ᠡ᠂ ᢈᠡᠯᠡᠴᠡᠯ ᠪᠣᠯᠤᠨ ᠪᠤᠰᠤᠳ ᠠᠯᠢᠪᠠ ᠦᠢᠯᠡ ᠠᠵᠢᠯᠯᠠᠭᠠᠨ ᠤ᠋ ᠲᠥᠯᠦᠪᠯᠡᠯᠲᠡ᠂ ᢉᠦᠢᠴᠡᠳᢈᠡᠯ᠂ ᠠᠰᠢᠭᠯᠠᠯᠲᠠ᠂ ᠵᠠᠷᠤᠴᠠᠭᠤᠯᠤᠯᠲᠠ᠂ ᢈᠡᠷᠡᢉᠵᠢᠯᠲᠡ᠂ ᠲᠠᠶᠢᠯᠤᠩᠨᠠᠯ ᠪᠣᠯᠤᠨ ᠨᠡᠶᠢᠲᠡ ᠶ᠋ᠢᠨ ᠥᠮᠴᠢ ᠲᠡᠢ ᠬᠣᠯᠪᠤᠭᠠᠲᠠᠢ ᠪᠦᢈᠦ ᠦᠢᠯᠡ ᠠᠵᠢᠯᠯᠠᠭᠠᠨ ᠳ᠋ᠤ ᠲᠥᠷᠦ ᠶ᠋ᠢᠨ ᠠᠦ᠋ᠳᠢᠲ ᢈᠢᢈᠦ ᠶ᠋ᠢ ᠣᠶᠢᠯᠠᠭᠠᠬᠤ ᠪᠠᠷ ᠲᠣᠳᠤᠷᠬᠠᠶᠢᠯᠠᠵᠤ ᠥᢉᢉᠦᢉᠰᠡᠨ᠃  ᠢᠩᢉᠢᢉᠰᠡᠨ ᠢ᠋ᠶᠡᠷ ᠲᠥᠷᠦ ᠶ᠋ᠢᠨ ᠠᠦ᠋ᠳᠢᠲ ᠤ᠋ᠨ ᠪᠠᠶᠢᠭᠤᠯᠤᠯᠭ᠎ᠠ ᠨᠢ ᠬᠠᠤᠯᠢ ᠳᠡᢉᠡᠳᠦᠯᠡᢈᠦ᠂ ᠬᠠᠷᠠᠭᠠᠲᠤ ᠪᠤᠰᠤ᠂ ᠪᠡᠶ᠎ᠡ ᠳᠠᠭᠠᠭᠠᠭᠰᠠᠨ ᠪᠠᠶᠢᠬᠤ᠂ ᠰᠢᠳᠤᠷᠭᠤ ᠶᠣᠰᠤ ᠶ᠋ᠢ ᠬᠠᠩᠭᠠᠬᠤ᠂ ᠮᠡᠳᠡᢉᠡᠯᠡᠯ ᠢ᠋ᠶᠡᠷ ᠪᠦᠷᠢᠨ ᠬᠠᠩᠭᠠᠭᠳᠠᠬᠤ᠂ ᠢᠯᠡ ᠲᠣᠳᠤ᠂ ᠪᠣᠳᠠᠲᠠᠢ ᠪᠠᠶᠢᠬᠤ᠂ ᠲᠥᠷᠦ ᠶ᠋ᠢᠨ ᠠᠦ᠋ᠳᠢᠲ ᠤ᠋ᠨ ᠣᠯᠠᠨ ᠤᠯᠤᠰ ᠤ᠋ᠨ ᠨᠡᠶᠢᠲᠡᠯᠢᢉ ᠰᠲ᠋ᠠᠨ᠋ᠳᠠᠷᠲ ᠲᠤ ᠨᠡᠶᠢᠴᠡᢉᠰᠡᠨ ᠪᠠᠶᠢᠬᠤ ᠵᠠᠷᠴᠢᠮ ᠢ᠋ ᠪᠠᠷᠢᠮᠲᠠᠯᠠᠳᠠᠭ ᠲᠥᠷᠦ ᠶ᠋ᠢᠨ ᠰᠠᠩᢈᠦᠦ᠂ ᠲᠥᠰᠦᠪ ᠦ᠋ᠨ ᢈᠢᠨᠠᠯᠲᠠ ᠶ᠋ᠢ ᠬᠠᠷᠠᠭᠠᠲᠤ ᠪᠤᠰᠤ ᠪᠠᠷ ᢈᠡᠷᠡᢉᠵᠢᢉᠦᠯᢈᠦ ᠵᠠᠮ ᠢ᠋ᠶᠠᠷ ᠨᠡᠶᠢᠲᠡ ᠶ᠋ᠢᠨ ᠥᠮᠴᠢ ᠶ᠋ᠢ ᠵᠣᢈᠢᠰᠲᠠᠢ ᠬᠤᠪᠢᠶᠠᠷᠢᠯᠠᠬᠤ᠂ ᠠᠰᠢᠭᠯᠠᠬᠤ᠂ ᠵᠠᠷᠤᠴᠠᠭᠤᠯᠬᠤ ᠳ᠋ᠤ ᠲᠠᠯᠪᠢᠭᠳᠠᠬᠤ ᢈᠢᠨᠠᠯᠲᠠ ᠶ᠋ᠢᠨ ᠡᠷᢈᠡ ᠵᠦᠢ ᠶ᠋ᠢᠨ ᠦᠨᠳᠦᠰᠦ ᠶ᠋ᠢ ᠲᠣᠭᠲᠠᠭᠠᠵᠤ᠂ ᠦᠢᠯᠡ ᠠᠵᠢᠯᠯᠠᠭ᠎ᠠ ᠪᠠᠨ ᠥᠨᠦ ᠶ᠋ᠢᠨ ᠨᠥᢈᠦᠴᠡᠯ ᠱᠠᠭᠠᠷᠳᠠᠯᠭ᠎ᠠ ᠳ᠋ᠤ ᠨᠡᠶᠢᠴᠡᢉᠦᠯᠦᠨ ᠶᠠᠪᠤᠭᠤᠯᠬᠤ ᠲᠠᠭᠠᠲᠠᠢ ᠨᠥᢈᠦᠴᠡᠯ ᠢ᠋ ᠪᠤᠢ ᠪᠣᠯᠭᠠᠭᠰᠠᠨ ᠪᠠᠶᠢᠨ᠎ᠠ᠃

ᠲᠥᠷᠦ ᠶ᠋ᠢᠨ ᠠᠦ᠋ᠳᠢᠲ ᠤ᠋ᠨ ᠪᠠᠶᠢᠭᠤᠯᠤᠯᠭ᠎ᠠ ᠠᠦ᠋ᠳᠢᠲ ᠤ᠋ᠨ ᠦᠢᠯᠡ ᠠᠵᠢᠯᠯᠠᠭ᠎ᠠ ᠶ᠋ᠢ ᠴᠠᢈᠢᠮᠵᠢᠭᠤᠯᠬᠤ ᠠᠵᠢᠯ ᠢ᠋ ᠡᢈᠢᠯᠡᢉᠦᠯᠵᠦ᠂ ᠪᠣᠳᠠᠲᠤ ᠴᠠᠭ ᠬᠤᠭᠤᠴᠠᠭᠠᠨ ᠤ᠋ ᠠᠦ᠋ᠳᠢᠲ ᠢ᠋ ᢈᠡᠷᠡᢉᠵᠢᢉᠦᠯᠦᢉᠰᠡᠨ᠂ ᠲᠥᠷᠦ ᠶ᠋ᠢᠨ ᠠᠦ᠋ᠳᠢᠲ ᠢ᠋ ᠨᠢᢉᠡᠳᢈᠡᠨ ᠤᠳᠤᠷᠢᠳᠬᠤ ᠲᠣᠭᠲᠠᠯᠴᠠᠭ᠎ᠠ ᠶ᠋ᠢ ᠪᠦᠷᠢᠳᠦᢉᠦᠯᠵᠦ᠂ ᠠᠦ᠋ᠳᠢᠲ ᠢ᠋ ᠴᠠᠭ ᠬᠤᠭᠤᠴᠠᠭ᠎ᠠ᠂ ᠣᠷᠤᠨ ᠵᠠᠢ ᠶ᠋ᠢᠨ ᠬᠠᠮᠢᠶᠠᠷᠤᠯ ᠦᢉᠡᠢ ᠪᠡᠷ ᠦᠷ᠎ᠡ ᠨᠥᠯᠦᢉᠡ ᠲᠡᠢ ᢉᠦᠢᠴᠡᠳᢈᠡᠨ ᠠᠵᠢᠯᠯᠠᠵᠤ ᠪᠠᠶᠢᠨ᠎ᠠ᠃ ᠲᠥᠷᠦ ᠶ᠋ᠢᠨ ᠠᠦ᠋ᠳᠢᠲ ᠤ᠋ᠨ ᠪᠠᠶᠢᠭᠤᠯᠤᠯᠭ᠎ᠠ ᠰᠢᠯᠭᠠᠭᠳᠠᠭᠴᠢ ᠡᠲᠡᢉᠡᠳ᠂ ᠰᠢᠯ ᠳᠠᠩᠰᠠᠨ ᠤ᠋ ᠮᠡᠳᠡᢉᠡᠯᠡᠯ ᠦ᠋ᠨ ᠰᠠᠩ ᠢ᠋ ᠡᢉᠦᠰᢈᠡᠵᠦ᠂ ᠲᠤᠰᠬᠠᠶᠢᠯᠠᠭᠰᠠᠨ ᠠᠦ᠋ᠳᠢᠲ ᠪᠣᠯᠬᠤ ᠰᠣᠩᠭᠤᠭᠤᠯᠢ ᠶ᠋ᠢᠨ ᠬᠠᠨᠳᠢᠪ ᠤ᠋ᠨ ᠵᠠᠷᠤᠳᠠᠯ ᠤ᠋ᠨ ᢈᠢᠨᠠᠯᠲᠠ ᢉᠦᠢᠴᠡᠳᢈᠡᢈᠦ ᠪᠣᠯᠤᠨ ᠰᠤᠷᠭᠠᠯᠲᠠ᠂ ᢈᠥᢉᠵᠢᠯ ᠦ᠋ᠨ ᠵᠡᠷᢉᠡ ᠑᠐ ᠲᠥᠷᠦᠯ ᠦ᠋ᠨ ᠰᠢᠰᠲ᠋ᠧᠮ ᠢ᠋ ᠠᠮᠵᠢᠯᠲᠠᠲᠠᠢ ᢈᠥᢉᠵᠢᢉᠦᠯᠵᠦ᠂ ᠢᠯᠡᢉᠦᠦ ᠦᠷ᠎ᠡ ᠪᠦᠲᠦᢉᠡᠯ ᠲᠡᠢ ᠠᠵᠢᠯᠯᠠᠬᠤ ᠨᠥᢈᠦᠴᠡᠯ ᠢ᠋ ᠪᠦᠷᠢᠳᠦᢉᠦᠯᠦᢉᠰᠡᠨ ᠪᠠᠶᠢᠨ᠎ᠠ᠃

Loading...